鄂尔多斯市人民政府蒙古文网站 爱享365_365bet官网娱乐_365ba

<legend id="h4sia"></legend><samp id="h4sia"></samp>
<sup id="h4sia"></sup>
<mark id="h4sia"><del id="h4sia"></del></mark>

<p id="h4sia"><td id="h4sia"></td></p><track id="h4sia"></track>

<delect id="h4sia"></delect>
  • <input id="h4sia"><address id="h4sia"></address>

    <menuitem id="h4sia"></menuitem>

    1. <blockquote id="h4sia"><rt id="h4sia"></rt></blockquote>
      <wbr id="h4sia">
    2. <meter id="h4sia"></meter>

      <th id="h4sia"><center id="h4sia"><delect id="h4sia"></delect></center></th>
    3. <dl id="h4sia"></dl>
    4. <rp id="h4sia"><option id="h4sia"></option></rp>

        爱享365_365bet官网娱乐_365ba

        ᠲᠥᠪ ᠠᠽᠢᠶ᠎ᠠ ᠶᠢᠨ ᠨᠡᠭᠦᠳᠡᠯᠴᠢᠳ 8000 ᠭᠠᠷᠤᠢ ᠵᠢᠯ ᠤᠨ ᠡᠮᠦᠨ᠎ᠡ ᠬᠤᠨᠢ ᠶᠢ ᠭᠠᠷᠰᠢᠭᠤᠯᠵᠤ ᠡᠬᠢᠯᠡᠵᠡᠢ

        爱享365_365bet官网娱乐_365ba

        ᠨᠡᠶᠢᠲᠡᠯᠡᠭᠰᠡᠨ ᠴᠠᠭ᠄
        2023/3/13
             ᠠᠷᠭ᠍ᠸᠤᠯᠣᠭᠢᠴᠢᠳ ᠲᠥᠪ ᠠᠽᠢᠶ᠎ᠠ ᠶᠢᠨ ᠨᠡᠭᠦᠳᠡᠯᠴᠢᠳ ᠰᠢᠨ᠎ᠡ ᠴᠢᠯᠠᠭᠤᠨ ᠵᠡᠪᠰᠡᠭ ᠤᠨ ᠦᠶ᠎ᠡ ᠪᠤᠶᠤ ᠨᠠᠢᠮᠠᠨ ᠮᠢᠩᠭᠠᠨ ᠵᠢᠯ ᠤᠨ ᠡᠮᠦᠨ᠎ᠡ ᠠᠴᠠ ᠬᠤᠨᠢ ᠭᠠᠷᠰᠢᠭᠤᠯᠵᠤ ᠡᠬᠢᠯᠡᠭᠰᠡᠨ ᠢ ᠪᠠᠲᠤᠯᠠᠬᠤ ᠨᠤᠲᠠᠯᠠᠬᠤ ᠪᠠᠷᠢᠮᠲᠠ ᠶᠢ ᠺᠢᠷᠭᠢᠰ ᠤᠨ ᠨᠤᠲᠤᠭ ᠳᠡᠪᠢᠰᠬᠡᠷ ᠠᠴᠠ ᠣᠯᠵᠠᠢ᠃             ︽ᠪᠠᠶᠢᠭᠠᠯᠢ ᠶᠢᠨ ᠬᠦᠮᠤᠨ ᠤ ᠦᠢᠯᠡ ᠶᠠᠪᠤᠳᠠᠯ︾ ᠰᠡᠳᠬᠦᠯ ᠳᠤ ᠮᠡᠳᠡᠭᠡᠯᠡᠭᠰᠡᠨ ᠢᠶᠠᠷ᠂ ᠺᠢᠷᠭᠢᠰ ᠤᠨ ᠣᠪᠢᠰᠢᠷ — 5 ᠠᠭᠤᠢ ᠳᠤ ᠣᠯᠳᠠᠭᠰᠠᠨ ᠠᠷᠬᠧᠣᠯᠣᠭᠢ ᠶᠢᠨ ᠪᠣᠯᠤᠨ ᠪᠢᠣᠮᠣᠯᠧᠺᠦ᠋ᠯ ᠤᠨ ᠤᠯᠠ ᠮᠥᠷ ᠲᠥᠪ ᠠᠽᠢᠶ᠎ᠠ ᠳᠤ ᠬᠤᠨᠢ ᠶᠢ ᠮᠠᠨ ᠤ ᠡᠷᠡᠨ ᠤ ᠡᠮᠦᠨ᠎ᠡ ᠵᠢᠷᠭᠤᠳᠤᠭᠠᠷ ᠮᠢᠩᠭᠠᠨ ᠳᠤ ᠭᠠᠷᠰᠢᠭᠤᠯᠤᠭᠰᠠᠨ ᠢ ᠭᠡᠷᠡᠴᠢᠯᠡᠵᠦ ᠪᠠᠶᠢᠨ᠎ᠠ᠃ ᠹᠧᠷᠭᠠᠨᠠ ᠬᠥᠨᠳᠡᠢ ᠳᠤ ᠭᠡᠷ ᠤᠨ ᠲᠡᠵᠢᠭᠡᠮᠡᠯ ᠠᠮᠢᠲᠠᠳ ᠪᠤᠢ ᠪᠣᠯᠤᠭᠰᠠᠨ ᠬᠤᠭᠤᠴᠠᠭ᠎ᠠ ᠶᠢ ᠭᠤᠷᠪᠠᠨ ᠮᠢᠩᠭᠠᠨ ᠵᠢᠯ ᠢᠶᠠᠷ ᠤᠷᠤᠭᠰᠢᠯᠠᠭᠤᠯᠵᠤ᠂ ᠡᠨᠡ ᠪᠥᠰᠡ ᠨᠤᠲᠤᠭ ᠲᠤ ᠮᠠᠯ ᠠᠵᠤ ᠠᠬᠤᠢ ᠡᠮᠦᠨ᠎ᠡ ᠨᠢ ᠲᠣᠭᠲᠠᠭᠠᠭᠳᠠᠭᠰᠠᠨ ᠠᠴᠠ ᠴᠤ ᠡᠷᠲᠡ ᠴᠠᠭ ᠲᠤ ᠬᠦᠮᠦᠰ ᠤᠨ ᠠᠮᠢᠳᠤᠷᠠᠯ ᠢᠶᠠᠨ ᠵᠠᠯᠭᠠᠭᠤᠯᠬᠤ ᠬᠡᠷᠡᠭᠰᠡᠯ ᠪᠣᠯᠤᠭᠰᠠᠨ ᠢ ᠬᠠᠷᠠᠭᠤᠯᠵᠤ ᠪᠠᠶᠢᠨ᠎ᠠ ᠭᠡᠵᠦ ᠣᠷᠣᠰ ᠬᠤᠯᠪᠣᠭᠠᠨ ᠤ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠠᠷᠬᠧᠣᠯᠣᠭᠢ ᠶᠢᠨ ᠬᠦᠷᠢᠶᠡᠯᠡᠩ ᠤᠨ ᠡᠷᠳᠡᠮ ᠰᠢᠨᠵᠢᠯᠡᠭᠡᠨ ᠤ ᠠᠵᠢᠯᠲᠠᠨ ᠰᠸᠧᠲᠯᠠᠨᠠ ᠱᠨᠠᠶᠢᠳᠧᠷ ᠡᠷᠳᠡᠮᠲᠡᠳ ᠣᠨᠴᠠᠯᠠᠭᠰᠠᠨ ᠪᠠᠶᠢᠨ᠎ᠠ᠃           ᠠᠩᠬᠠᠨ ᠤ ᠭᠡᠷ ᠤᠨ ᠲᠡᠵᠢᠭᠡᠮᠡᠯ ᠠᠮᠢᠲᠠᠨ ᠣᠶᠢᠷᠠᠬᠢ ᠳᠣᠷᠣᠨᠠᠲᠤ᠂ ᠡᠨᠡᠳᠬᠡᠭ᠂ ᠢᠷᠠᠨ ᠤ ᠨᠤᠲᠤᠭ ᠳᠡᠪᠢᠰᠬᠡᠷ ᠲᠤ 10 — 12 ᠮᠢᠩᠭᠠᠨ ᠵᠢᠯ ᠤᠨ ᠡᠮᠦᠨ᠎ᠡ ᠭᠠᠵᠠᠷ ᠲᠠᠷᠢᠶᠠᠯᠠᠩ ᠡᠭᠦᠰᠴᠦ᠂ ᠠᠮᠢᠳᠤᠷᠠᠯ ᠤᠨ ᠰᠠᠭᠤᠷᠢᠨ ᠬᠡᠪ ᠮᠠᠶ᠋ᠢᠭ ᠲᠤ ᠰᠢᠯᠵᠢᠬᠦ ᠦᠶ᠎ᠡ ᠳᠤ ᠪᠤᠢ ᠪᠣᠯᠵᠠᠢ᠃ ᠬᠤᠵᠢᠮ ᠨᠢ ᠳᠡᠯᠡᠬᠡᠢ ᠶᠢᠨ ᠪᠤᠰᠤᠳ ᠬᠡᠰᠡᠭ ᠲᠤ ᠠᠮᠢᠲᠠᠳ ᠢ ᠭᠠᠷᠰᠢᠭᠤᠯᠵᠤ ᠡᠬᠢᠯᠡᠭᠰᠡᠨ ᠪᠠᠶᠢᠨ᠎ᠠ᠃ ᠡᠭᠦᠨ ᠤ ᠳ᠋ᠦᠩ ᠳᠤ ᠨᠡᠭᠦᠳᠡᠯᠴᠢᠨ ᠮᠠᠯᠴᠢᠳ ᠤᠨ ᠰᠤᠶᠤᠯ ᠪᠤᠢ ᠪᠣᠯᠵᠤ᠂ ᠬᠤᠨᠢ᠂ ᠦᠬᠡᠷ᠂ ᠠᠳᠤᠭᠤ ᠵᠡᠷᠭᠡ ᠮᠠᠯ ᠤᠨ ᠮᠢᠬ᠎ᠠ᠂ ᠰᠦ ᠶᠢ ᠬᠦᠨᠡᠰᠦᠨ ᠳᠤ ᠪᠠᠨ ᠬᠡᠷᠡᠭᠯᠡᠳᠡᠭ ᠪᠣᠯᠵᠠᠢ᠃          ᠡᠷᠳᠡᠮᠲᠡᠳ ᠰᠢᠨ᠎ᠡ ᠴᠢᠯᠠᠭᠤᠨ ᠵᠡᠪᠰᠡᠭ ᠤᠨ ᠦᠶ᠎ᠡ ᠳᠤ ᠡᠷᠲᠡᠨ ᠤ ᠬᠦᠮᠦᠰ ᠤᠨ ᠣᠷᠣᠩᠨᠠᠳᠠᠭ ᠪᠠᠶᠢᠭᠰᠠᠨ ᠺᠢᠷᠭᠢᠰ ᠤᠨ ᠣᠪᠢᠰᠢᠷ — 5 ᠠᠭᠤᠢ ᠶᠢ 1965 ᠣᠨ ᠳᠤ ᠬᠠᠭᠤᠴᠢᠨ ᠢᠶᠠᠷ ᠵᠥᠪᠯᠡᠯᠲᠦ ᠶᠢᠨ ᠠᠷᠭ᠍ᠸᠤᠯᠣᠭᠢᠴᠢᠳ ᠨᠡᠭᠡᠭᠡᠵᠡᠢ᠃ ᠲᠡᠨᠳᠡ ᠦᠷ᠎ᠡ ᠲᠠᠷᠢᠶ᠎ᠠ ᠪᠣᠯᠪᠠᠰᠤᠷᠠᠭᠤᠯᠬᠤ ᠬᠡᠷᠡᠭᠰᠡᠯ ᠲᠠᠢ ᠲᠥᠰᠲᠡᠢ ᠶᠡᠷᠦ ᠪᠤᠰᠤ ᠶᠢᠨ ᠬᠥᠳᠡᠯᠮᠦᠷᠢ ᠶᠢᠨ ᠪᠠᠭᠠᠵᠢ ᠵᠡᠪᠰᠡᠭ ᠠᠴᠠ ᠭᠠᠳᠠᠨ᠎ᠠ ᠰᠤᠳᠤᠯᠤᠭᠠᠴᠢᠳ ᠬᠤᠨᠢ᠂ ᠢᠮᠠᠭᠠᠨ ᠤ ᠠᠷᠤᠭ ᠶᠠᠰᠤ ᠣᠯᠤᠭᠰᠠᠨ ᠪᠠᠶᠢᠨ᠎ᠠ᠃ ᠡᠭᠦᠨ ᠠᠴᠠ ᠡᠮᠦᠨ᠎ᠡ ᠡᠳᠡᠭᠡᠷ ᠣᠯᠳᠠᠪᠤᠷᠢ ᠶᠢ ᠰᠤᠳᠤᠯᠤᠭ᠎ᠠ ᠦᠭᠡᠢ ᠲᠤᠯᠠ ᠭᠠᠷᠰᠢᠭᠤᠯᠤᠭᠰᠠᠨ ᠡᠰᠡᠪᠡᠯ ᠵᠡᠷᠯᠢᠭ ᠠᠮᠢᠲᠠᠳ ᠤᠨ ᠶᠠᠰᠤ ᠡᠰᠡᠬᠦ ᠨᠢ ᠲᠣᠳᠣᠷᠬᠠᠢ ᠦᠭᠡᠢ ᠪᠠᠶᠢᠵᠠᠢ᠃ ᠬᠠᠷᠢᠨ ᠱᠨᠠᠶᠢᠳᠧᠷ ᠲᠡᠷᠢᠭᠦᠲᠡᠢ ᠡᠷᠳᠡᠮᠲᠡᠳ ᠤᠨ ᠪᠠᠭ ᠲᠤᠰ ᠠᠭᠤᠢ ᠳᠤ ᠳᠠᠬᠢᠨ ᠰᠤᠳᠤᠯᠭ᠎ᠠ ᠬᠢᠭᠰᠡᠨ ᠤ ᠳ᠋ᠦᠩ ᠳᠤ ᠣᠯᠳᠠᠪᠤᠷᠢ ᠶᠢᠨ ᠨᠠᠰᠤ ᠶᠢ ᠲᠣᠭᠲᠠᠭᠠᠭᠰᠠᠨ ᠪᠠᠶᠢᠨ᠎ᠠ᠃ ᠵᠠᠷᠢᠮ ᠣᠯᠳᠠᠪᠤᠷᠢ ᠨᠠᠢᠮᠠᠨ ᠮᠢᠩᠭ᠎ᠠ ᠠᠴᠠ ᠢᠯᠡᠭᠦᠦ ᠵᠢᠯ ᠤᠨ ᠨᠠᠰᠤ ᠲᠠᠢ ᠪᠠᠶᠢᠵᠠᠢ᠃ ᠡᠭᠦᠨ ᠠᠴᠠ ᠭᠠᠳᠠᠨ᠎ᠠ ᠠᠭᠤᠢ ᠳᠤ ᠣᠯᠳᠠᠭᠰᠠᠨ ᠬᠤᠨᠢ᠂ ᠢᠮᠠᠭ᠎ᠠ ᠭᠠᠷᠰᠢᠭᠤᠯᠤᠭᠰᠠᠨ ᠪᠠᠶᠢᠭᠰᠠᠨ ᠢ ᠭᠡᠷᠡᠴᠢᠯᠡᠬᠦ ᠰᠢᠨᠵᠢ ᠲᠡᠮᠳᠡᠭ ᠣᠯᠳᠠᠭᠰᠠᠨ ᠪᠠᠶᠢᠨ᠎ᠠ᠃ ᠶᠠᠰᠤᠨ ᠤ ᠤᠭᠤᠷᠠᠭ ᠤᠨ ᠮᠣᠯᠧᠺᠦ᠋ᠯ ᠢ ᠰᠢᠨᠵᠢᠯᠡᠬᠦ ᠳᠤ ᠪᠦᠲᠦᠴᠡ ᠨᠢ ᠣᠷᠴᠢᠨ ᠴᠠᠭ ᠤᠨ ᠬᠤᠨᠢ᠂ ᠢᠮᠠᠭᠠᠨ ᠤ ᠶᠠᠰᠤᠨ ᠤ ᠡᠰ ᠤᠨ ᠤᠭᠤᠷᠠᠭ ᠲᠠᠢ 100 ᠬᠤᠪᠢ ᠲᠠᠭᠠᠷᠠᠵᠠᠢ᠃ ᠲᠡᠭᠦᠨᠴᠢᠯᠡᠨ᠂ ᠶᠠᠰᠤᠨ ᠤ ᠳᠡᠭᠡᠳᠦ ᠳᠠᠪᠬᠤᠷᠭ᠎ᠠ᠂ ᠰᠢᠳᠦᠨ ᠤ ᠫᠠᠯᠠᠩ ᠤᠨ ᠪᠦᠲᠦᠴᠡ ᠠᠴᠠ ᠦᠵᠡᠪᠡᠯ ᠡᠳᠡᠭᠡᠷ ᠬᠤᠨᠢ᠂ ᠢᠮᠠᠭ᠎ᠠ ᠶᠢ ᠲᠥᠯᠥᠭᠡ ᠪᠠᠶᠢᠬᠤ ᠳᠤ ᠨᠢ ᠨᠠᠮᠤᠷ ᠨᠢᠳᠤᠯᠠᠭᠰᠠᠨ ᠪᠠᠶᠢᠨ᠎ᠠ᠃ ᠮᠥᠨ ᠳ᠋ᠧᠽᠣᠺᠰᠢᠷᠢᠪᠤᠨᠦ᠋ᠺᠯᠸᠢᠢᠨ ᠤ ᠬᠦᠴᠢᠯ ᠤᠨ ᠰᠢᠨᠵᠢᠯᠡᠭᠡ ᠪᠠᠷ ᠬᠤᠨᠢ᠂ ᠢᠮᠠᠭ᠎ᠠ ᠶᠢ ᠭᠠᠷᠰᠢᠭᠤᠯᠤᠭᠰᠠᠨ ᠪᠠᠶᠢᠭᠰᠠᠨ ᠢ ᠪᠠᠲᠤᠯᠠᠭᠰᠠᠨ ᠪᠠᠶᠢᠨ᠎ᠠ᠃                                                ᠶᠠ᠊ · ᠪᠣᠯᠣᠷ                                        ᠮᠤᠩᠭᠤᠯ ᠤᠯᠤᠰ ᠤᠨ ᠺᠢᠷᠢᠯ ᠰᠦᠯᠵᠢᠶ᠎ᠠ ᠠᠴᠠ ᠡᠤ ᠳᠠᠯᠠᠢ ᠬᠦᠷᠪᠡᠭᠦᠯᠪᠡ    
        ᠢᠷᠡᠯᠲᠡ᠄ ᠬᠤᠯᠪᠤᠭ᠎ᠠ ᠰᠦᠯᠵᠢᠶ᠎ᠡ